
ᠮᠠᠨ ᠤ ᠳᠡᠭᠡᠳᠦ ᠰᠤᠷᠭᠠᠭᠤᠯᠢ ᠶᠢᠨ ᠦᠨᠳᠦᠰᠦᠲᠡᠨ ᠤ ᠮᠦᠽᠸᠢ ᠳᠤ ᠰᠢᠨ᠎ᠡ ᠳᠤᠮᠳᠠᠳᠤ ᠣᠯᠣᠰ ᠪᠠᠶᠢᠭᠤᠯᠣᠭᠳᠠᠭᠰᠠᠨ 70 ᠵᠢᠯ ‍ᠦᠨ‌ᠤᠢ ᠶᠢ ᠪᠡᠯᠭᠡᠯᠡᠬᠦ :ᠣᠳᠣᠮᠰᠢᠯᠲᠣ ᠰᠤᠶᠤᠯ ᠰᠤᠷᠭᠠᠨ ᠬᠦᠮᠦᠵᠢᠯ ᠤᠨ ᠬᠡᠷᠡᠭᠰᠡᠯ ᠪᠣᠯᠣᠨ ᠰᠢᠨ᠎ᠡ ᠳᠤᠮᠳᠠᠳᠤ ᠤᠯᠤᠰ ᠤᠨ ᠪᠢᠯᠧᠲ ᠲᠡᠮᠳᠡᠭ ᠤᠨ ᠦᠵᠡᠭᠦᠯᠭᠡ ᠶᠢ ᠶᠠᠪᠤᠭᠳᠠᠭᠤᠯᠤᠭᠰᠠᠨ ᠨᠢ

ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠦᠨᠳᠦᠰᠦᠲᠡᠨ ᠤ ᠮᠦᠽᠸᠢ ᠨᠢ ᠰᠤᠷᠭᠠᠭᠤᠯᠢ ᠪᠤᠯᠤᠨ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ ᠨᠠᠷ ᠤᠨ ᠳᠡᠮᠵᠢᠯᠡᠭᠡ ᠳᠣᠣᠷ᠎ᠠ 2019 ᠣᠨ ᠤ 9 ᠰᠠᠷ᠎ᠠ ᠶᠢᠨ 29  ᠤ ᠦᠳᠡ ᠶᠢᠨ ᠡᠮᠦᠨ᠎ᠡ ᠰᠤᠷᠭᠠᠭᠤᠯᠢ ᠶᠢᠨ ᠳᠤᠲᠤᠷᠠᠬᠢ ᠬᠠᠮᠢᠶ᠎ᠠ ᠪᠥᠬᠦᠢ ᠪᠠᠶᠢᠭᠤᠯᠭ᠎ᠠ ᠨᠢᠭᠡᠴᠢ ᠪᠣᠯᠣᠨ ᠬᠤᠪᠢ ᠬᠦᠮᠦᠨ ᠤ ᠬᠡᠷᠡᠭᠯᠡᠵᠦ ᠥᠩᠭᠡᠷᠡᠭᠰᠡᠨ ᠬᠡᠰᠡᠭ ᠤᠳᠤᠮᠰᠢᠯᠲᠣ ᠰᠤᠶᠤᠯ ᠰᠤᠷᠭᠠᠨ ᠬᠦᠮᠦᠵᠢᠯ ᠤᠨ ᠬᠡᠷᠡᠭᠰᠡᠯ ᠵᠢᠴᠢ ᠴᠤᠭᠯᠠᠭᠤᠯᠵᠤ ᠠᠪᠴᠢᠷᠠᠭᠰᠠᠨ ᠪᠥᠬᠦ ᠤᠯᠤᠰ ᠤᠨ ᠡᠯ᠎ᠡ ᠮᠤᠵᠢ ᠶᠢᠨ ᠪᠢᠯᠧᠲ ᠲᠡᠮᠳᠡᠭ ᠢᠶᠠᠷ ᠦᠨᠳᠦᠰᠦᠯᠡᠯ ᠪᠣᠯᠭᠠᠨ ︽ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ  ᠤᠨ ᠤᠢ ᠶᠢ ᠪᠡᠯᠭᠡᠯᠡᠬᠦ᠄ ᠣᠳᠣᠮᠰᠢᠯᠲᠣ ᠰᠤᠶᠤᠯ ᠰᠤᠷᠭᠠᠨ ᠬᠦᠮᠦᠵᠢᠯ ᠤᠨ ᠬᠡᠷᠡᠭᠰᠡᠯ ᠪᠤᠯᠤᠨ ᠰᠢᠨ᠎ᠡ ᠳᠤᠮᠳᠠᠳᠤ ᠤᠯᠤᠰ ᠤᠨ ᠪᠢᠯᠧᠲ ᠲᠡᠮᠳᠡᠭ ᠤᠨ ᠦᠵᠡᠭᠦᠯᠭᠡ︾ ᠶᠢ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃ ᠲᠤᠰ ᠤᠳᠠᠭᠠᠨ ᠤ ᠦᠵᠡᠭᠦᠯᠭᠡ ᠶᠢᠨ ᠡᠬᠢᠯᠡᠯᠲᠡ ᠶᠢᠨ ᠶᠣᠰᠤᠯᠠᠯ ᠳᠤ ᠮᠣᠩᠭᠤᠯ ᠰᠤᠳᠤᠯᠣᠯ ᠤᠨ ᠲᠥᠪ ᠤᠨ ᠡᠷᠬᠢᠯᠡᠭᠴᠢ ᠴᠢᠮᠡᠳᠳᠣᠷᠵᠢ ᠫᠷᠤᠹᠧᠰᠰᠤᠷ᠂ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠡᠦ ᠱᠤᠸᠠᠨ ᠬᠤ᠋᠂ ᠣᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ ᠸᠠᠩ ᠵᠢᠶᠦ᠋ᠨ ᠯᠢᠩ᠂ ᠮᠣᠩᠭᠤᠯ ᠰᠣᠳᠣᠯᠣᠯ ᠤᠨ ᠲᠦᠪ ᠤᠨ ᠳᠡᠳ᠋ ᠡᠷᠬᠢᠯᠡᠭᠴᠢ ᠭᠦᠷᠦᠮ᠎ᠠ ᠵᠢᠴᠢ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠨ ᠤ ᠨᠠᠮ ᠤᠨ ᠭᠡᠰᠢᠭᠦᠳ᠂ ᠰᠤᠷᠤᠭᠴᠢ ᠶᠢᠨ ᠨᠠᠮ ᠤᠨ ᠬᠡᠰᠢᠭᠦᠳ ᠣᠷᠤᠯᠴᠠᠵᠠᠢ᠃

ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠮᠦᠽᠸᠢ ᠳᠤ ᠶᠠᠪᠤᠭᠳᠠᠭᠤᠯᠤᠭᠰᠠᠨ《 ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ᠄ ᠣᠳᠣᠮᠰᠢᠯᠲᠣ ᠰᠤᠶᠤᠯ ᠰᠤᠷᠭᠠᠨ ᠬᠦᠮᠦᠵᠢᠯ ᠤᠨ ᠬᠡᠷᠡᠭᠰᠡᠯ ᠪᠣᠯᠣᠨ ᠰᠢᠨ᠎ᠡ ᠲᠤᠮᠳᠠᠳᠤ ᠤᠯᠤᠰ ᠤᠨ ᠪᠢᠯᠧᠲ ᠲᠡᠮᠳᠡᠭ ᠤᠨ ᠦᠵᠡᠭᠦᠯᠭᠡ 》 ᠨᠢ ᠨᠡᠩ ᠤᠯᠠᠨ ᠤᠶᠤᠲᠠᠳ ᠢ ᠲᠤᠮᠳᠠᠳᠤ ᠤᠯᠤᠰ ᠤᠨ ᠦᠩᠭᠡᠷᠡᠭᠰᠡᠨ ᠪᠠ ᠤᠳᠤᠬᠢ ᠪᠠᠶᠢᠳᠠᠯ ᠢ ᠬᠠᠷᠢᠴᠠᠭᠤᠯᠬᠤ ᠪᠠᠷ ᠲᠠᠮᠵᠢᠨ᠂ ᠡᠬᠡ ᠤᠯᠤᠰ ᠤᠨ ᠬᠤᠪᠢᠷᠠᠠᠯᠲᠠ ᠪᠠ ᠬᠦᠭᠵᠢᠯᠲᠠ ᠶᠢ ᠣᠶᠢᠯᠠᠭᠠᠭᠤᠯᠬᠤ ᠶᠢᠨ ᠲᠦᠯᠦᠭᠡ ᠪᠢᠯᠡ᠃ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠮᠦᠽᠸᠢ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ ᠤᠨ ᠵᠢᠱᠢᠶᠡᠴᠢ ᠰᠠᠭᠤᠷᠢᠨ ᠭᠠᠵᠠᠷ ᠪᠠᠶᠢᠵᠤ᠂ ᠵᠠᠯᠠᠭᠤᠴᠤᠳ ᠤᠨ ᠤᠯᠤᠰ ᠢᠶᠠᠨ ᠬᠠᠶᠢᠷᠠᠯᠠᠬᠤ ᠦᠵᠡᠯ ᠢ ᠬᠦᠮᠦᠵᠢᠭᠦᠯᠬᠦ ᠲᠠᠷᠬᠠᠨ ᠡᠭᠦᠷᠭᠡ ᠶᠢ ᠡᠭᠦᠷᠭᠡᠯᠡᠵᠤ ᠪᠤᠢ᠃ ᠲᠤᠰ ᠤᠳᠠᠭᠠᠨ ᠤ ᠦᠵᠡᠭᠦᠯᠭᠡ ᠳᠠᠬᠢ ᠡᠳᠡᠭᠡᠷ ᠬᠦᠨᠳᠦ ᠨᠦᠰᠡᠷ᠂ ᠪᠦᠳᠦᠭᠦᠯᠢᠭ᠂ ᠲᠠᠨᠢᠯ ᠲᠠᠰᠤᠯ᠂ ᠴᠢᠨᠠᠭᠰᠢᠯᠠᠨ ᠵᠢᠪᠡᠷᠡᠵᠦ ᠡᠯᠡᠭᠳᠡᠭᠰᠡᠨ ᠣᠳᠣᠮᠰᠢᠯᠲᠣ ᠰᠤᠶᠤᠯ ᠰᠤᠷᠭᠠᠨ ᠬᠦᠮᠦᠵᠢᠯ ᠤᠨ ᠬᠡᠷᠡᠭᠰᠡᠯ ᠵᠢᠴᠢ ᠪᠢᠯᠧᠲ ᠲᠡᠮᠳᠡᠭ ᠨᠢ ᠴᠦᠮ ᠮᠠᠨ ᠤ ᠮᠦᠽᠸᠢ ᠶᠢᠨ ᠣᠨᠴᠠᠭᠠᠢ ᠪᠠᠶᠢᠳᠠᠭ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠪᠠᠶᠢᠵᠤ᠂ ᠠᠮᠢᠳᠤᠯᠢᠭ᠂ ᠰᠢᠭᠤᠳ᠂ ᠲᠦᠷᠰᠦᠯᠢᠭ ᠵᠡᠷᠭᠡ ᠤᠨᠴᠠᠯᠢᠭ ᠲᠠᠢ᠃ ᠡᠶᠢᠮᠦᠷᠬᠦᠦ ᠦᠵᠡᠭᠦᠯᠭᠡ ᠨᠢ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠪᠠᠷ ᠪᠠᠷᠠᠬᠤ ᠦᠭᠡᠢ᠂ ᠨᠡᠩ ᠴᠤ ᠰᠢ ᠶᠢᠨ ᠫᠢᠩ ᠶᠡᠷᠦᠩᠬᠡᠢ ᠱᠦᠵᠢ ᠶᠢᠨ ᠶᠠᠷᠢᠭᠰᠠᠨ《 ᠨᠡᠶᠢᠭᠡᠮ ᠵᠢᠷᠤᠮ ᠢ ᠪᠣᠯ ᠲᠡᠮᠡᠴᠡᠵᠦ ᠪᠠᠶᠢᠭᠠᠳ ᠪᠦᠲᠦᠭᠡᠭᠰᠡᠨ ᠶᠤᠮ︾ ᠭᠡᠬᠦ ᠳᠥᠭᠦᠮ ᠠᠪᠰᠠᠷᠬᠠᠨ᠂ ᠡᠩ ᠤᠨ ᠪᠠᠶᠢᠲᠠᠯ᠎ᠠ ᠪᠠᠨ ᠭᠦᠨ ᠰᠠᠨᠠᠭ᠎ᠠ ᠠᠭᠤᠯᠤᠭᠳᠠᠵᠤ ᠪᠥᠬᠦᠢ ᠰᠣᠩᠭᠤᠳᠠᠭ ᠦᠭᠡ ᠶᠢ ᠬᠦᠮᠦᠰ ᠤᠨ ᠰᠡᠳᠬᠢᠯ ᠳᠤ ᠬᠠᠳᠠᠡᠩᠰᠢᠭᠤᠯᠵᠤ ᠴᠢᠳᠠᠨ᠎ᠠ᠃ ᠡᠨᠡ ᠨᠢ ᠳᠤᠮᠳᠠᠳᠤ ᠤᠯᠤᠰ ᠤᠨ ᠡᠬᠡ ᠭᠠᠵᠠᠷ ᠤᠨ ᠴᠠᠭ ᠦᠶ᠎ᠡ ᠶᠢᠨ ᠳᠠᠭᠤ ᠶᠢ ᠬᠠᠩᠭᠢᠨᠠᠭᠤᠯᠵᠤ᠂ ᠰᠢᠨ᠎ᠡ ᠨᠢᠭᠡᠨ ᠦᠶ᠎ᠡ ᠶᠢᠨ ᠵᠠᠯᠠᠭᠤᠰ ᠤᠨ ᠤᠷᠤᠭᠰᠢᠯᠠᠨ ᠳᠠᠪᠰᠢᠬᠤ ᠶᠢ ᠠᠬᠢᠭᠤᠯᠣᠨ᠎ᠠ᠃

 