
ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ︽ᠤᠭ ᠰᠠᠨᠠᠭ᠎ᠠ ᠪᠠᠨ ᠥᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ ︾ ᠭᠤᠤᠯ ᠰᠡᠳᠦᠪᠲᠦ ᠰᠤᠷᠭᠠᠨ ᠬᠦᠮᠦᠵᠢᠯ ᠤᠨ ᠳᠠᠶᠢᠴᠢᠯᠠᠯᠲᠠ ᠪᠠᠶᠢᠷᠢᠰᠢᠭᠤᠯᠤᠯᠲᠠ ᠶᠢᠨ ᠶᠡᠭᠡ ᠬᠤᠷᠠᠯ

ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠣᠷᠭᠠᠭᠤᠯᠢ ᠨᠢ 2019 ᠤᠨ ᠤ 9 ᠰᠠᠷ᠎ᠠ ᠶᠢᠨ 20  ᠤ ᠡᠳᠦᠷ ᠤᠨ 16 ᠴᠠᠭ 30 ᠳᠤ ᠳᠡᠭᠡᠳᠦ ᠰᠤᠷᠭᠠᠭᠤᠯᠢ ᠶᠢᠨ ᠳᠥᠷᠪᠡᠳᠦᠭᠡᠷ ᠬᠤᠷᠠᠯ ᠤᠨ ᠭᠡᠷ ᠲᠤ ︽ᠤᠭ ᠰᠠᠨᠠᠭ᠎ᠠ ᠪᠠᠨ ᠥᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠤᠣᠯ ᠰᠡᠳᠦᠪᠲᠦ ᠰᠤᠷᠭᠠᠨ ᠬᠦᠮᠦᠵᠢᠯ ᠤᠨ ᠳᠠᠶᠢᠴᠢᠯᠠᠯᠲᠠ ᠪᠠᠶᠢᠷᠢᠰᠢᠭᠤᠯᠣᠯᠲᠠ ᠶᠢᠨ ᠬᠤᠷᠠᠯ ᠬᠢᠵᠡᠢ᠃ ᠲᠤᠰ ᠤᠳᠠᠭᠠᠨ ᠤ ᠬᠤᠷᠠᠯ ᠢ ᠮᠠᠨ ᠤ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ ᠸᠠᠩ ᠵᠢᠶᠦ᠋ᠨ ᠯᠢᠩ ᠡᠷᠬᠢᠯᠡᠵᠦ᠂ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ ᠠᠵᠢᠯᠲᠠᠨ᠂ ᠡᠯ᠎ᠡ ᠨᠠᠮ ᠤᠨ ᠡᠭᠦᠷ ᠤᠨ ᠱᠦᠵᠢ ᠲᠡᠷᠡᠴᠢᠯᠡᠨ ᠪᠥᠬᠦ ᠪᠠᠭᠰᠢ ᠰᠣᠷᠣᠭᠴᠢᠳ ᠵᠢᠴᠢ ᠨᠠᠮ ᠤᠨ ᠬᠡᠰᠢᠭᠦᠳ ᠣᠷᠤᠯᠴᠠᠨ ᠰᠤᠷᠤᠯᠴᠠᠵᠠᠢ᠃

ᠬᠤᠷᠠᠯ ᠳᠡᠭᠡᠷ᠎ᠡ᠂ ᠸᠠᠩ ᠵᠢᠶᠦ᠋ᠨ ᠯᠢᠩ ᠱᠦᠵᠢ ᠰᠣᠷᠭᠠᠭᠤᠯᠢ ᠶᠢᠨ ︽ᠤᠭ ᠰᠠᠨᠠᠭ᠎ᠠ ᠪᠠᠨ ᠥᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠤᠣᠯ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠥᠪᠥᠷ ᠮᠣᠩᠭᠤᠯ ᠤᠨ ᠶᠡᠭᠡ ᠰᠤᠷᠭᠠᠭᠤᠯᠢ  ᠶᠢᠨ ᠨᠠᠮ ᠤᠨ ᠡᠭᠦᠷ ᠤᠨ ︿ᠤᠭ ᠰᠠᠨᠠᠭ᠎ᠠ ᠪᠠᠨ ᠥᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ﹀ ᠭᠤᠣᠯ ᠰᠡᠳᠦᠪᠲᠦ ᠠᠵᠢᠯ ᠤᠨ ᠲᠥᠰᠦᠪ︾ ᠢ ᠳᠠᠭᠠᠭᠤᠯᠤᠨ ᠰᠤᠷᠤᠯᠴᠠᠵᠠᠢ᠃

ᠬᠠᠮᠤᠭ ᠰᠡᠭᠦᠯ ᠳᠤ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ︽ᠤᠭ ᠰᠠᠨᠠᠭ᠎ᠠ ᠪᠠᠨ ᠥᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠤᠣᠯ ᠰᠡᠳᠦᠪᠲᠦ ᠰᠤᠷᠤᠯᠴᠠᠯᠭ᠎ᠠ ᠳᠤ ᠪᠣᠲᠠᠲᠠᠢ ᠪᠠᠶᠢᠷᠢᠰᠢᠭᠤᠯᠤᠯᠲᠠ ᠬᠢᠵᠠᠢ᠃

 