
《ᠲᠤᠮᠳᠠᠳᠤ ᠤᠯᠤᠰ ᠤᠨ ᠤᠮᠠᠷᠠᠲᠤ ᠤᠷᠤᠨ ᠤ ᠴᠦᠬᠡᠨ ᠲᠤᠭᠠᠲᠤ ᠦᠨᠳᠦᠰᠦᠲᠡᠨ ᠤ ᠬᠡᠭᠡᠷ᠎ᠡ ᠶᠢᠨ ᠪᠠᠶᠢᠴᠠᠭᠠᠯᠲᠠ ᠶᠢᠨ ᠮᠠᠲ᠋ᠧᠷᠢᠶᠠᠯ ᠤᠨ ᠬᠦᠮᠦᠷᠭᠡ》 ᠶᠢᠨ ᠬᠤᠶᠠᠳᠤᠭᠠᠷ ᠬᠤᠭᠤᠴᠠᠭ᠎ᠠ ᠠᠮᠵᠢᠯᠲᠠ ᠲᠠᠢ ᠲᠡᠭᠦᠰᠦᠭᠰᠡᠨ ᠨᠢ

ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠲᠠᠨ ᠵᠦᠢ ᠶᠢᠨ ᠲᠡᠷᠢᠭᠦᠨ ᠤ ᠬᠢᠴᠢᠶᠡᠯ ᠲᠦᠷᠦᠯ ᠤᠨ ᠲᠤᠰᠬᠠᠢ ᠰᠦᠢᠳᠬᠡᠯ ᠤᠨ ᠳᠡᠮᠵᠢᠯᠭᠡ ᠪᠠᠷ ᠤᠭᠰᠠᠭᠠᠲᠠᠨ ᠵᠦᠢ ᠨᠡᠶᠢᠭᠡᠮ ᠵᠦᠢ ᠶᠢᠨ ᠲᠡᠭᠡᠲᠤ ᠰᠤᠷᠭᠠᠭᠤᠯᠢ ᠶᠢᠨ ᠮᠠᠲ᠋ᠧᠷᠢᠶᠠᠯ ᠤᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠭ᠎ᠠ ᠲᠤᠭᠤᠶᠢᠯᠠᠩ ᠠᠴᠠ ᠶᠠᠪᠤᠭᠳᠠᠭᠤᠯᠤᠭᠰᠠᠨ《 ᠲᠤᠮᠲᠠᠲᠤ ᠤᠯᠤᠰ ᠤᠨ ᠤᠮᠠᠷᠠᠲᠤ ᠤᠷᠤᠨ ᠤ ᠴᠦᠬᠡᠨ ᠲᠤᠭᠠᠲᠤ ᠦᠨᠳᠦᠰᠦᠲᠡᠨ ᠤ ᠭᠠᠵᠠᠷ ᠤᠷᠤᠨ ᠤ ᠨᠡᠶᠢᠭᠡᠮ ᠤᠨ ᠪᠠᠶᠢᠴᠠᠭᠠᠯᠲᠠ》 ᠶᠢᠨ ᠬᠤᠶᠠᠳᠤᠭᠠᠷ ᠬᠤᠭᠤᠴᠠᠭ᠎ᠠ ᠠᠮᠵᠢᠯᠲᠠ ᠲᠠᠢ ᠪᠠᠷ ᠲᠡᠭᠦᠰᠦᠭᠰᠡᠨ ᠪᠠᠶᠢᠨ᠎ᠠ᠃ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠳᠤ ᠤᠭᠰᠠᠭᠠᠲᠠᠨ ᠵᠦᠢ ᠨᠡᠶᠢᠭᠡᠮ ᠵᠦᠢ ᠶᠢᠨ ᠲᠡᠭᠡᠲᠤ ᠰᠣᠷᠭᠠᠭᠤᠯᠢ ᠶᠢᠨ ᠳᠠᠯᠠ ᠤᠷᠴᠢᠮ ᠪᠠᠭᠰᠢ ᠰᠤᠷᠤᠭᠴᠢ ᠤᠷᠤᠯᠴᠠᠵᠤ᠂ ᠵᠤᠨ ᠤ ᠠᠮᠠᠷᠠᠯᠲᠠ ᠶᠢᠨ ᠨᠢᠭᠡ ᠰᠠᠷ᠎ᠠ ᠶᠢ ᠠᠰᠢᠭᠯᠠᠠᠵᠤ ᠪᠡᠶᠡᠯᠡᠭᠦᠯᠵᠠᠢ᠃

ᠲᠤᠰ ᠤᠳᠠᠭᠠᠨ ᠤ ᠮᠠᠲ᠋ᠧᠷᠢᠶᠠᠯ ᠤᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠨᠢ ᠠᠩᠬᠠᠳᠣᠭᠠᠷ ᠬᠤᠭᠤᠴᠠᠭᠠᠨ ᠤ ᠶᠡᠷᠦᠩᠬᠡᠶᠢᠯᠡᠭᠰᠡᠨ ᠴᠢᠨᠠᠷᠲᠠᠢ ᠪᠠᠶᠢᠴᠠᠭᠠᠯᠲᠠ ᠲᠠᠢ ᠤᠨᠳᠤᠤ ᠪᠠᠶᠢᠵᠤ᠂ ᠬᠦᠨᠳᠦ ᠴᠢᠬᠤᠯᠠ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠪᠠ ᠬᠠᠯᠠᠮᠰᠢᠯ ᠶᠠᠷᠢᠶᠠᠨ ᠤ ᠠᠰᠠᠭᠤᠳᠠᠯ ᠢ ᠨᠡᠩ ᠲᠤᠪᠤᠶᠢᠯᠭᠠᠵᠤ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ᠂ ᠪᠠᠶᠢᠭᠠᠯᠢᠯᠢᠭ ᠬᠦᠭᠵᠢᠯᠲᠡ ᠪᠠ ᠮᠠᠯᠵᠢᠬᠤ ᠤᠷᠤᠨ ᠤ ᠰᠡᠷᠭᠦᠨ ᠮᠠᠨᠳᠤᠯᠲᠠ ᠶᠢᠨ ᠪᠠᠶᠢᠯᠲᠤᠬᠤ ᠪᠤᠳᠤᠯᠭ᠎ᠠ ᠵᠡᠷᠭᠡ ᠳᠦᠷᠪᠡᠨ ᠵᠦᠢᠯ ᠤᠨ ᠭᠤᠤᠯ ᠰᠡᠳᠦᠪ ᠢ ᠪᠠᠭᠳᠠᠭᠠᠵᠠᠢ᠃ ᠲᠦᠷᠪᠡᠨ ᠪᠠᠶᠢᠴᠠᠭᠠᠯᠲᠠ ᠶᠢᠨ ᠲᠤᠭᠤᠶᠢᠯᠠᠩ ᠨᠢ ᠲᠣᠭᠲᠠᠭᠰᠠᠨ ᠪᠠᠶᠢᠴᠠᠭᠠᠯᠲᠠ ᠶᠢᠨ ᠭᠤᠤᠯ ᠰᠡᠳᠦᠪ ᠢ ᠦᠨᠳᠦᠰᠦᠯᠡᠵᠤ ᠶᠠᠩᠵᠣ ᠰᠣᠭᠤᠯᠬᠤ ᠠᠷᠭ᠎ᠠ ᠶᠢ ᠬᠡᠷᠡᠭᠯᠡᠨ᠂ ᠤᠷᠳᠤᠰ ᠬᠤᠲᠠ᠂ ᠪᠠᠶᠠᠨᠨᠠᠭᠤᠷ ᠬᠤᠲᠠ᠂ ᠰᠢᠯᠢ ᠶᠢᠨ ᠭᠤᠤᠯ ᠠᠶᠢᠮᠠᠭ᠂ ᠬᠦᠯᠦᠨ ᠪᠤᠶᠢᠷ ᠬᠤᠲᠠ᠂ ᠤᠯᠠᠭᠠᠨᠬᠠᠳᠠ ᠬᠤᠲᠠ ᠵᠢᠴᠢ ᠬᠢᠩᠭᠠᠨ ᠠᠶᠢᠮᠠᠭ ᠵᠡᠷᠭᠡ ᠵᠢᠷᠭᠤᠭᠠᠨ ᠠᠶᠢᠮᠠᠭ ᠬᠤᠲᠠ᠂ ᠠᠷᠪᠠᠨ ᠬᠤᠰᠢᠭᠤ ᠰᠢᠶᠠᠨ ᠤ ᠮᠢᠩᠭ᠎ᠠ ᠲᠠᠠᠪᠤᠨ ᠵᠠᠭᠤ ᠤᠷᠴᠢᠮ ᠮᠠᠯᠴᠢᠨ ᠳᠤ ᠠᠰᠠᠭᠤᠨ ᠪᠠᠶᠢᠴᠠᠭᠠᠯᠲᠠ ᠬᠢᠵᠠᠢ᠃

《ᠲᠤᠮᠳᠠᠳᠤ ᠤᠯᠤᠰ ᠤᠨ ᠤᠮᠠᠷᠠᠲᠤ ᠤᠷᠤᠨ ᠤ ᠴᠦᠬᠡᠨ ᠲᠤᠭᠠᠲᠤ ᠦᠨᠳᠦᠰᠦᠲᠡᠨ ᠤ ᠭᠠᠵᠠᠷ ᠤᠷᠤᠨ ᠤ ᠬᠡᠭᠡᠷ᠎ᠡ ᠶᠢᠨ ᠪᠠᠶᠢᠴᠠᠭᠠᠯᠲᠠ ᠶᠢᠨ ᠮᠠᠲ᠋ᠧᠷᠢᠶᠠᠯ ᠤᠨ ᠬᠦᠮᠦᠷᠭᠡ》 ᠶᠢᠨ ᠠᠮᠵᠢᠯᠲᠠ ᠲᠠᠢ ᠶᠠᠪᠤᠭᠳᠠᠭᠰᠠᠨ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠲᠠᠨ ᠵᠦᠢ ᠶᠢᠨ ᠰᠠᠯᠪᠣᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠨᠡᠶᠢᠭᠡᠮ ᠤᠨ ᠦᠢᠯᠡᠴᠢᠯᠡᠭᠡ᠂ ᠴᠢᠳᠠᠪᠦᠷᠢᠲᠠᠨ ᠤ ᠬᠦᠮᠦᠵᠢᠭᠦᠯᠦᠯᠲᠡ ᠵᠡᠷᠭᠡ ᠲᠠᠯ᠎ᠠ ᠶᠢᠨ ᠪᠦᠲᠦᠭᠡᠨ ᠪᠠᠶᠢᠭᠤᠯᠣᠯᠲᠠ ᠶᠢᠨ ᠬᠢᠷᠢ ᠲᠦᠪᠰᠢᠨ ᠢ ᠲᠡᠭᠡᠭᠰᠢᠯᠡᠭᠦᠯᠵᠦ᠂ ᠪᠠᠰᠠ ᠴᠤ ᠰᠤᠷᠭᠠᠭᠤᠯᠢ ᠶᠢᠨ ᠲᠤᠲᠤᠭᠠᠲᠤ ᠶᠢᠨ ᠪᠤᠰᠤᠳ ᠰᠠᠯᠪᠣᠷᠢ᠂ ᠴᠢᠨᠠᠭᠰᠢᠯᠠᠨ ᠤᠯᠤᠰ ᠤᠨ ᠲᠤᠲᠤᠭᠠᠲᠤ  ᠶᠢᠨ ᠲᠡᠭᠡᠲᠤ ᠰᠤᠷᠭᠠᠭᠤᠯᠢ ᠶᠢᠨ ᠤᠮᠠᠷᠠᠲᠤ ᠤᠷᠤᠨ ᠤ ᠴᠦᠬᠡᠨ ᠲᠤᠭᠠᠲᠤ ᠦᠨᠳᠦᠰᠦᠲᠡᠨ ᠤ ᠭᠠᠵᠠᠷ ᠤᠷᠤᠨ ᠤ ᠬᠦᠮᠦᠨ ᠠᠮᠠ᠂ ᠠᠵᠤ ᠠᠬᠤᠢ᠂ ᠨᠡᠶᠢᠭᠡᠮ᠂ ᠰᠤᠶᠤᠯ ᠵᠡᠷᠭᠡ ᠬᠤᠯᠪᠤᠭᠲᠠᠯ ᠪᠦᠬᠦᠢ ᠰᠤᠳᠤᠯᠭᠠᠨ ᠳᠤ ᠨᠠᠷᠢᠨ ᠤᠨᠦᠪᠴᠢᠲᠠᠢ᠂ ᠪᠤᠰᠤᠳᠴᠢ ᠴᠢᠨᠠᠷᠲᠠᠢ ᠮᠠᠲ᠋ᠧᠷᠢᠶᠠᠯ ᠤᠨ ᠰᠠᠭᠤᠷᠢ ᠬᠠᠩᠭᠠᠬᠤ ᠳᠤ ᠠᠰᠢᠭᠲᠠᠢ᠃

 